3.ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ ᠬᠦᠷᠢᠶ᠎ᠡ ᠬᠡᠪᠴᠢᠶ᠎ᠡ ᠶᠠᠮᠠᠷ ᠠᠭᠤᠯᠭ᠎ᠠ ᠪᠠᠭᠲᠠᠭᠠᠬᠤ ︖
<< ᠲᠣᠭᠲᠠᠭᠠᠯ >> ᠭᠤᠷᠪᠠᠳᠤᠭᠠᠷ ᠵᠣᠷᠪᠤᠰ ᠠᠴᠠ ᠦᠨᠳᠦᠰᠦᠯᠡᠪᠡᠯ᠂ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ
ᠳᠠᠩᠰᠠ ᠡᠪᠬᠡᠮᠡᠯ ᠳᠦ ᠣᠷᠤᠭᠤᠯᠬᠤ ᠬᠦᠷᠢᠶ᠎ᠡ ᠬᠡᠪᠴᠢᠶ᠎ᠡ ᠳᠦᠷᠪᠡᠨ ᠲᠠᠯ᠎ᠠ ᠪᠠᠭᠲᠠᠭᠠᠨ᠎ᠠ᠄ ᠨᠢᠭᠡ ᠪᠣᠯ
ᠲᠤᠰ ᠪᠠᠶᠢᠭᠤᠯᠭ᠎ᠠ ᠶᠢᠨ ᠭᠣᠣᠯ ᠡᠷᠬᠡ ᠲᠤᠰᠢᠶᠠᠯ ᠤᠨ ᠬᠦᠳᠡᠯᠭᠡᠭᠡᠨ  ᠪᠣᠯᠣᠨ ᠦᠨᠳᠦᠰᠦᠨ ᠲᠡᠥᠬᠡᠨ ᠨᠢᠭᠤᠷ
ᠴᠢᠷᠠᠢ ᠶᠢ ᠲᠤᠰᠬᠠᠨ᠂ ᠲᠤᠰ ᠪᠠᠶᠢᠭᠤᠯᠭ᠎ᠠ ᠶᠢᠨ ᠠᠵᠢᠯ᠂ ᠤᠯᠤᠰ ᠤᠨ ᠪᠦᠲᠦᠭᠡᠨ ᠪᠠᠶᠢᠭᠤᠯᠤᠯᠲᠠ  ᠪᠣᠯᠤᠨ
ᠲᠡᠥᠬᠡ ᠰᠣᠳᠤᠯᠬᠤ  ᠳᠤ ᠠᠰᠢᠭᠯᠠᠵᠤ ᠪᠣᠯᠬᠤ ᠦᠨ᠎ᠡ ᠦᠷᠲᠡᠭ ᠲᠠᠢ ᠪᠢᠴᠢᠭ ᠮᠠᠲ᠋ᠧᠷᠢᠶᠠᠯ ︔ ᠬᠣᠶᠠᠷ ᠪᠣᠯ
ᠲᠤᠰ ᠪᠠᠶᠢᠭᠤᠯᠭ᠎ᠠ ᠶᠢᠨ ᠠᠵᠢᠯ ᠤᠨ ᠬᠦᠳᠡᠯᠭᠡᠭᠡᠨ ᠦ ᠳᠤᠮᠳᠠ ᠪᠦᠷᠢᠯᠳᠦᠭᠰᠡᠨ ᠤᠯᠤᠰ᠂ ᠬᠠᠮᠳᠦ ᠨᠡᠶᠢᠲᠡ
ᠪᠣᠯᠤᠨ ᠡᠷᠬᠡᠲᠦ ᠠᠷᠠᠳ ᠤᠨ ᠡᠷᠬᠡ ᠠᠰᠢᠭ ᠢ ᠬᠠᠮᠠᠭᠠᠯᠠᠬᠤ ᠬᠠᠮᠢᠶᠠᠲᠠᠢ ᠭᠡᠷᠡᠴᠢ ᠪᠠᠷᠢᠮᠲᠠ ᠪᠦᠬᠦᠢ
ᠦᠨ᠎ᠡ ᠦᠷᠲᠡᠭ ᠲᠠᠢ ᠪᠢᠴᠢᠭ ᠮᠠᠲ᠋ᠧᠷᠢᠶᠠᠯ ︔ ᠭᠤᠷᠪᠠ ᠪᠣᠯ ᠲᠤᠰ ᠪᠠᠶᠢᠭᠤᠯᠭ᠎ᠠ ᠶᠢᠨ ᠳᠡᠭᠡᠳᠦ ᠱᠠᠲᠤᠨ ᠦ
ᠪᠠᠶᠢᠭᠤᠯᠭ᠎ᠠ᠂ ᠠᠳᠠᠯᠢ ᠱᠠᠲᠤᠨ ᠤ ᠪᠠᠶᠢᠭᠤᠯᠭ᠎ᠠ ᠶᠢᠨ ᠳᠣᠭᠤᠭᠰᠢᠯᠠᠭᠤᠯᠤᠨ ᠬᠡᠷᠡᠭᠡᠵᠢᠭᠦᠯᠬᠦ ᠬᠡᠷᠡᠭᠴᠡᠭᠡ
ᠲᠠᠢ ᠪᠢᠴᠢᠭ ᠮᠠᠲ᠋ᠧᠷᠢᠶᠠᠯ᠂ ᠳᠣᠣᠷᠠᠳᠦ ᠱᠠᠲᠤᠨ ᠤ ᠪᠠᠶᠢᠭᠤᠯᠭ᠎ᠠ ᠶᠢᠨ ᠬᠦᠷᠭᠡᠭᠰᠡᠨ ᠴᠢᠬᠤᠯᠠ ᠪᠢᠴᠢᠭ
ᠮᠠᠲ᠋ᠧᠷᠢᠶᠠᠯ ︔ ᠳᠥᠷᠪᠡ ᠪᠣᠯ ᠪᠣᠰᠤᠳ ᠲᠤᠰ ᠪᠠᠶᠢᠭᠤᠯᠭ᠎ᠠ ᠶᠢᠨ ᠠᠵᠢᠯ  ᠤᠨ ᠪᠠᠶᠢᠴᠠᠭᠠᠨ ᠰᠣᠳᠤᠯᠬᠤ ᠳᠤ
ᠦᠨ᠎ᠡ ᠦᠷᠲᠡᠭ ᠲᠠᠢ ᠪᠢᠴᠢᠭ
     ᠮᠠᠲ᠋ᠧᠷᠢᠶᠠᠯ᠃ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ ᠬᠦᠷᠢᠶ᠎ᠡ ᠬᠡᠪᠴᠢᠶ᠎ᠡ
ᠳᠦᠷᠪᠡᠨ ᠵᠣᠷᠪᠤᠰ ᠵᠠᠷᠴᠢᠮ ᠲᠣᠭᠲᠠᠭᠠᠯ᠂ ᠨᠢᠭᠡᠨᠲᠡ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ
ᠳᠠᠩᠰᠠ ᠡᠪᠬᠡᠮᠡᠯ ᠳᠦ ᠣᠷᠤᠭᠤᠯᠬᠤ ᠦᠷᠲᠡᠭ ᠪᠠᠷᠢᠮᠵᠢᠶ᠎ᠠ ᠲᠠᠢ ᠶᠢ ᠮᠠᠭᠠᠳᠯᠠᠬᠤ ᠶᠢᠨ ᠬᠠᠮᠲᠤ ᠪᠠᠰᠠ
ᠪᠠᠶᠢᠭᠤᠯᠭ᠎ᠠ ᠶᠢᠨ ᠲᠤᠰ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ
ᠬᠦᠷᠢᠶ᠎ᠡ ᠬᠡᠪᠴᠢᠶ᠎ᠡ ᠶᠢᠨ ᠥᠪᠡᠷ ᠢᠶᠡᠨ ᠡᠵᠡᠨ ᠮᠡᠳᠡᠬᠦ ᠪᠣᠯᠤᠨ ᠠᠮᠢᠳᠤᠯᠢᠭ ᠴᠢᠨᠠᠷ ᠢ ᠨᠠᠶᠢᠷᠠᠭᠤᠯᠵᠤ᠂
ᠡᠯ᠎ᠡ ᠪᠠᠶᠢᠭᠤᠯᠭ᠎ᠠ ᠶᠢᠨ ᠠᠵᠢᠯ ᠶᠠᠪᠤᠭᠳᠠᠭᠤᠯᠬᠤ ᠳᠤ ᠳᠦᠭᠦᠮᠬᠡᠨ᠂ ᠲᠤᠰ ᠪᠠᠶᠢᠭᠤᠯᠭ᠎ᠠ ᠶᠢᠨ ᠪᠣᠲᠠᠲᠠᠢ
ᠣᠶᠤᠨ ᠴᠢᠳᠠᠯ ᠤᠨ ᠬᠦᠳᠡᠯᠭᠡᠭᠡᠨ ᠦ ᠶᠠᠪᠤᠭᠤᠯᠬᠤ ᠶᠢ ᠦᠨᠳᠦᠰᠦᠯᠡᠵᠦ᠂ᠪᠠᠶᠢᠭᠤᠯᠭ᠎ᠠ ᠶᠢᠨ ᠪᠢᠴᠢᠭ
ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ ᠬᠦᠷᠢᠶ᠎ᠡ ᠬᠡᠪᠴᠢᠶ᠎ᠡ ᠶᠢᠨ ᠨᠠᠶᠢᠷᠠᠭᠤᠯᠤᠨ
ᠵᠣᠬᠢᠶᠠᠬᠤ ᠳᠦ ᠵᠦᠢᠲᠠᠢ
     ᠶᠠᠪᠦᠭᠤᠯᠤᠨ᠎ᠠ᠃ << ᠲᠣᠭᠲᠠᠭᠠᠯ >> ᠡᠴᠡ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ
ᠬᠦᠷᠢᠶ᠎ᠡ ᠬᠡᠪᠴᠢᠶᠡᠨ ᠳᠦ ᠵᠦᠪᠬᠡᠨ ᠲᠡᠭᠡᠷ᠎ᠡ ᠬᠡᠯᠡᠭᠰᠡᠨ ᠳᠦᠷᠪᠡᠨ ᠵᠣᠷᠪᠤᠰ ᠵᠠᠷᠴᠢᠮ ᠬᠤᠪᠢᠶᠠᠭᠰᠠᠨ
ᠰᠢᠯᠲᠠᠭᠠᠨ ᠪᠣᠯ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠪᠣᠯ ᠪᠠᠶᠢᠭᠤᠯᠭ᠎ᠠ ᠶᠢᠨ ᠪᠠᠶᠢᠬᠤ ᠠᠵᠢᠯ ᠤᠨ
ᠬᠦᠳᠡᠯᠭᠡᠭᠡᠨ ᠦ ᠳᠤᠮᠳᠠ ᠪᠦᠷᠢᠯᠳᠦᠭᠰᠡᠨ ᠪᠦᠭᠦᠳᠡ ᠪᠢᠴᠢᠭ ᠮᠠᠲ᠋ᠧᠷᠢᠶᠠᠯ ᠢ ᠪᠠᠭᠲᠠᠭᠠᠵᠤ᠂ ᠪᠢᠴᠢᠭᠡᠴᠢ
ᠪᠣᠰᠤ ᠮᠠᠲ᠋ᠧᠷᠢᠶᠠᠯ ᠢ ᠪᠠᠰᠠ ᠪᠠᠭᠲᠠᠭᠠᠨ᠂ ᠰᠢᠨᠵᠢᠯᠡᠭᠡ ᠮᠡᠷᠭᠡᠵᠢᠯ ᠦᠨ ᠪᠢᠴᠢᠭ ᠮᠠᠲ᠋ᠧᠷᠢᠶᠠᠯ᠂
ᠠᠵᠢᠯᠲᠠᠨ ᠤ ᠶᠠᠪᠤᠳᠠᠯ ᠤᠨ ᠪᠢᠴᠢᠭ ᠮᠠᠲ᠋ᠧᠷᠢᠶᠠᠯ ᠵᠡᠷᠭᠡ ︔ ᠴᠠᠭᠠᠰᠤᠨ ᠴᠢᠨᠠᠷ ᠲᠠᠢ ᠪᠢᠴᠢᠭ ᠮᠠᠲ᠋ᠧᠷᠢᠶᠠᠯ ᠢ
ᠪᠠᠭᠲᠠᠭᠠᠬᠤ ᠪᠠᠷ ᠪᠠᠷᠠᠨ ᠪᠠᠰᠠ ᠴᠠᠭᠠᠰᠤᠨ ᠠᠴᠠ ᠪᠣᠰᠤᠳ ᠴᠢᠨᠠᠷ ᠲᠠᠢ ᠪᠢᠴᠢᠭ ᠮᠠᠲ᠋ᠧᠷᠢᠶᠠᠯ ᠢ ᠪᠠᠭᠲᠠᠭᠠᠨ᠎ᠠ᠂
ᠰᠣᠷᠢᠨᠵᠢᠨ ᠴᠢᠨᠠᠷ ᠲᠠᠢ ᠠᠴᠢᠶᠠᠯᠠᠭᠴᠢ ᠪᠢᠴᠢᠭ ᠮᠠᠲ᠋ᠧᠷᠢᠶᠠᠯ᠂ ᠡᠯᠧᠺᠲᠷᠣᠨ ᠤ ᠪᠢᠴᠢᠭ ᠮᠠᠲ᠋ᠧᠷᠢᠶᠠᠯ
ᠵᠡᠷᠭᠡ᠃ ᠪᠢᠴᠢᠭ ᠮᠠᠲ᠋ᠧᠷᠢᠶᠠᠯ ᠤᠨ ᠠᠭᠤᠯᠭ᠎ᠠ ᠵᠢᠴᠢ ᠠᠴᠢᠶᠠᠯᠠᠭᠴᠢ ᠶᠢᠨ ᠵᠦᠷᠢᠶᠡᠲᠦ ᠴᠢᠨᠠᠷ ᠢᠯᠡᠳᠲᠠ
ᠶᠡᠬᠡ᠂ ᠠᠭᠤᠯᠭ᠎ᠠ ᠪᠠᠰᠠ ᠢᠯᠡᠳᠲᠡ ᠨᠦᠰᠡᠷ ᠣᠯᠠᠨ᠂ ᠬᠡᠷᠪᠡ << ᠲᠣᠭᠲᠠᠭᠠᠯ >> ᠳᠤᠮᠳᠠ ᠪᠠᠶᠢᠭᠤᠯᠭ᠎ᠠ ᠶᠢᠨ
ᠪᠢᠴᠢᠭ ᠮᠠᠲ᠋ᠧᠷᠢᠶᠠᠯ  ᠤᠨ ᠳᠠᠩᠰᠠ ᠡᠪᠬᠡᠮᠡᠯ  ᠲᠦ ᠣᠷᠤᠭᠤᠯᠬᠤ ᠬᠦᠷᠢᠶ᠎ᠡ ᠬᠡᠪᠴᠢᠶ᠎ᠡ ᠶᠢ ᠨᠠᠷᠢᠨ
ᠲᠣᠳᠤᠷᠬᠠᠢ ᠪᠠᠭᠴᠠᠯᠠᠬᠤ ᠪᠣᠶᠤ ᠪᠦᠭᠦᠳᠡ ᠶᠢ ᠲᠣᠳᠤᠷᠬᠠᠶᠢᠯᠠᠬᠤ ᠨᠢ ᠰᠢᠨᠵᠢᠯᠡᠬᠦ ᠤᠬᠠᠭᠠᠨᠴᠢ ᠪᠢᠰᠢ᠂
ᠪᠠᠰᠠ ᠶᠠᠪᠤᠭᠳᠠᠭᠤᠯᠬᠤ ᠪᠢᠰᠢ᠂ ᠮᠡᠷᠭᠡᠵᠢᠯ ᠢ ᠰᠢᠢᠳᠪᠦᠷᠢᠯᠡᠬᠦ ᠳᠦ ᠠᠵᠢᠯᠯᠠᠬᠣ ᠳᠤ ᠬᠦᠴᠢᠷ ᠠᠰᠠᠭᠤᠳᠠᠯ
ᠣᠷᠤᠰᠢᠨ᠎ᠠ᠃ ᠡᠶᠢᠮᠦ ᠡᠴᠡ ᠤᠯᠤᠰ ᠤᠨ ᠳᠠᠩᠰᠠ ᠡᠪᠬᠡᠮᠡᠯ ᠦᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ
ᠰᠠᠯᠠᠭ᠎ᠠ ᠮᠦᠴᠢᠷ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ ᠳᠤ
ᠭᠠᠭᠴᠠᠬᠠᠨ ᠬᠣᠷᠸ᠎ᠠ᠂ ᠵᠢᠯᠤᠭᠤᠳᠬᠤ ᠴᠢᠨᠠᠷ ᠤᠨ ᠲᠣᠭᠲᠠᠭᠠᠯ ᠬᠢᠪᠡ᠃ “ ᠲᠡᠷᠢᠭᠦᠨ ᠬᠢᠯᠪᠡᠷ ᠬᠣᠶᠢᠨ᠎ᠠ
ᠬᠦᠴᠢᠷ᠂ ᠰᠠᠯᠭᠠᠨ ᠰᠢᠢᠳᠪᠦᠷᠢᠯᠡᠬᠦ ” ᠵᠠᠷᠴᠢᠮ ᠢ
     ᠦᠨᠳᠦᠰᠦᠯᠡᠵᠦ᠂ << ᠲᠣᠭᠲᠠᠭᠠᠯ >> ᠡᠴᠡ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ
ᠬᠦᠷᠢᠶ᠎ᠡ ᠬᠡᠪᠴᠢᠶᠡᠨ ᠳᠦ ᠪᠣᠳᠠᠳᠠᠢ ᠱᠠᠭᠠᠷᠳᠠᠯᠭ᠎ᠠ ᠪᠠᠶᠢᠵᠦ᠂ ᠪᠢᠴᠢᠭ ᠮᠠᠲ᠋ᠧᠷᠢᠶᠠᠯ ᠪᠣᠰᠤ ᠪᠣᠯᠤᠨ
ᠴᠠᠭᠠᠰᠤᠨ ᠴᠢᠨᠠᠷ ᠪᠣᠰᠤ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ ᠬᠦᠷᠢᠶ᠎ᠡ ᠬᠡᠪᠴᠢᠶᠡᠨ ᠳᠦ
ᠪᠠᠰᠠ ᠱᠠᠭᠠᠷᠳᠠᠯᠭ᠎ᠠ ᠳᠤᠷᠠᠳᠤᠨ ᠵᠢᠴᠢ “ ᠪᠠᠶᠢᠭᠤᠯᠭ᠎ᠠ ᠶᠢᠨ ᠪᠦᠷᠢᠯᠳᠦᠭᠰᠡᠨ ᠠᠵᠢᠯᠲᠠᠨ ᠤ ᠶᠠᠪᠤᠳᠠᠯ᠂
ᠦᠨᠳᠦᠰᠦᠨ ᠪᠦᠲᠦᠭᠡᠨ ᠪᠠᠶᠢᠭᠤᠯᠤᠯᠲᠠ᠂ ᠨᠢᠭᠲᠠᠯᠠᠨ ᠪᠣᠳᠤᠭᠴᠢ ᠵᠢᠴᠢ ᠪᠣᠰᠤᠳ ᠲᠤᠰᠬᠠᠶᠢᠯᠠᠨ ᠪᠢᠴᠢᠭ
ᠮᠠᠲ᠋ᠧᠷᠢᠶᠠᠯ ᠤᠨ ᠳᠠᠩᠰᠠ ᠡᠪᠬᠡᠮᠡᠯ ᠳᠦ ᠣᠷᠤᠭᠤᠯᠬᠤ ᠬᠠᠳᠠᠭᠠᠯᠠᠬᠤ ᠬᠤᠭᠤᠴᠠᠭ᠎ᠠ᠂ ᠤᠯᠤᠰ ᠤᠨ ᠬᠣᠯᠪᠤᠭᠳᠠᠯ
ᠪᠦᠬᠦᠢ ᠲᠣᠭᠲᠠᠭᠠᠯ ᠢᠶᠠᠷ ᠭᠦᠢᠴᠡᠳᠭᠡᠨ᠎ᠡ ”᠃