ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠳᠠᠩᠰᠠ ᠡᠪᠬᠡᠮᠡᠯ ᠤᠨ ᠲᠣᠪᠴᠢᠶᠠᠨ  ᠤ ( ᠭᠡᠷ)  ᠲᠣᠪᠴᠢ ᠲᠠᠨᠢᠯᠴᠠᠭᠤᠯᠭ᠎ᠠ
ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠳᠠᠩᠰᠠ ᠡᠪᠬᠡᠮᠡᠯ ᠤᠨ ᠭᠠᠵᠠᠷ ᠪᠣᠯ 1959 ᠣᠨ ᠤ 4 ᠰᠠᠷ᠎ᠠ ᠶᠢᠨ
9 ᠳ᠋ᠦ ᠡᠬᠢᠯᠡᠵᠦ ᠪᠠᠶᠢᠭᠤᠯᠤᠭᠳᠠᠭᠰᠠᠨ ᠪᠣᠯᠣᠨ᠎ᠠ᠂ᠦᠪᠡᠷᠲᠡᠭᠡᠨ ᠵᠠᠰᠠᠬᠣ ᠣᠷᠣᠨ ᠤ ᠨᠠᠮ ᠤᠨ ᠬᠣᠷᠢᠶ᠎ᠠ᠂
ᠵᠠᠰᠠᠭ ᠤᠨ ᠣᠷᠳᠤᠨ ᠤ ᠬᠣᠣᠰ ᠬᠦᠨᠳᠦ ᠤᠳᠤᠷᠢᠳᠤᠯᠭ᠎ᠠ  ᠶᠢ ᠬᠦᠷᠲᠡᠵᠦ᠂ᠲᠦᠪᠯᠡᠷᠡᠨ ᠬᠠᠮᠢᠶᠠᠷᠬᠤ ᠶᠢᠨ
ᠬᠡᠯᠪᠡᠷᠢ ᠪᠡᠷ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠨᠡᠶᠢᠭᠡᠮᠯᠢᠭ ᠦᠨ ᠳᠠᠩᠰᠠ ᠡᠪᠬᠡᠮᠡᠯ
 ᠢᠶᠡᠷ ᠭᠣᠣᠯ ᠪᠣᠯᠭᠠᠵᠤ᠂ ᠪᠠᠰᠠ ᠬᠡᠰᠡᠭ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠶᠢᠨ ᠳᠠᠩᠰᠠ ᠡᠪᠬᠡᠮᠡᠯ
 ᠢ ᠬᠠᠳᠠᠭᠠᠯᠠᠨ ᠬᠠᠮᠢᠶᠠᠷᠴᠤ ᠪᠠᠶᠢᠭ᠎ᠠ ᠰᠢᠨᠵᠢᠯᠡᠬᠦ ᠤᠬᠠᠭᠠᠨᠴᠢ ᠰᠣᠶᠣᠯ ᠤᠨ ᠠᠵᠢᠯ ᠦᠢᠯᠡᠰ ᠦᠨ ᠨᠢᠭᠡᠴᠢ
ᠪᠣᠯᠣᠨ᠎ᠠ᠃ 2001 ᠣᠨ ᠤ 8 ᠰᠠᠷ᠎ᠠ   ᠶᠢᠨ ᠪᠠᠶᠢᠭᠤᠯᠤᠮᠵᠢ ᠶᠢᠨ ᠥᠭᠡᠷᠡᠴᠢᠯᠡᠯᠲᠠ  ᠳᠤ ᠂ ᠦᠪᠡᠷᠲᠡᠭᠡᠨ ᠵᠠᠰᠠᠬᠣ
ᠣᠷᠣᠨ ᠤ ᠳᠠᠩᠰᠠ ᠡᠪᠬᠡᠮᠡᠯ ᠤᠨ ᠲᠤᠪᠴᠢᠶ᠎ᠠ ᠪᠣᠯᠤᠨ ᠳᠠᠩᠰᠠ ᠡᠪᠬᠡᠮᠡᠯ ᠤᠨ
     ᠭᠠᠵᠠᠷ ᠢ ᠨᠡᠶᠢᠯᠡᠭᠦᠯᠵᠦ᠂ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠳᠠᠩᠰᠠ ᠡᠪᠬᠡᠮᠡᠯ ᠤᠨ ᠲᠣᠪᠴᠢᠶ᠎ᠠ
( ᠭᠡᠷ) ᠨᠢᠭᠡ ᠪᠠᠶᠢᠭᠤᠯᠤᠮᠵᠢ ᠪᠣᠯᠵᠤ᠂ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠳᠠᠩᠰᠠ ᠡᠪᠬᠡᠮᠡᠯ ᠤᠨ
ᠲᠣᠪᠴᠢᠶ᠎ᠠ᠂ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠳᠠᠩᠰᠠ ᠡᠪᠬᠡᠮᠡᠯ ᠤᠨ ᠭᠠᠵᠠᠷ ᠬᠣᠶᠠᠷ
ᠫᠠᠶᠢᠰᠠ ᠡᠯᠭᠦᠵᠦ᠂ ᠲᠢᠩᠬᠢᠮ ᠦᠨ ᠵᠡᠷᠭᠡ ᠶᠢᠨ ᠪᠠᠶᠢᠭᠤᠯᠤᠮᠵᠢ ᠶᠢᠨ ᠳᠦᠷᠢᠮ ᠪᠣᠯᠤᠨ ᠦᠪᠡᠷᠲᠡᠭᠡᠨ
ᠵᠠᠰᠠᠬᠣ ᠣᠷᠣᠨ ᠤ ᠨᠠᠮ ᠤᠨ ᠬᠣᠷᠢᠶᠠᠨ ᠤ ᠠᠯᠪᠠᠨ ᠲᠢᠩᠬᠢᠮ   ᠡᠴᠡ ᠬᠠᠮᠢᠶᠠᠷᠤᠨ᠎ᠠ᠃